︽ᠮᠤᠩᠭᠤᠯ ᠤᠨ ᠨᠢᠭᠤᠴᠠ ᠲᠤᠪᠴᠢᠶᠠᠨ︾ ᠵᠤᠬᠢᠶᠠᠭᠳᠠᠭᠰᠠᠨ 780 ᠵᠢᠯ ᠦᠨ ᠤᠢ ᠶᠢ ᠳᠤᠷᠠᠰᠬᠠᠨ ᠲᠡᠮᠲᠡᠭᠯᠡᠬᠦ ᠪᠦᠬᠦ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠠᠮᠵᠢᠯᠲᠠᠲᠠᠢ ᠶᠠᠪᠤᠭᠳᠠᠭᠰᠠᠨ ᠨᠢ


2020 ᠤᠨ ᠤ 12 ᠰᠠᠷ᠎ᠠ ᠶᠢᠨ 19 ᠤ ᠡᠳᠦᠷ ᠡᠴᠡ 20 ᠤ ᠡᠳᠦᠷ ᠪᠤᠯᠲᠠᠯ᠎ᠠ᠂ ᠮᠠᠨ ᠤ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠪᠦᠷᠢᠨᠪᠠᠲᠤ ᠫᠷᠣᠹᠧᠰᠰᠣᠷ ᠤᠨ ᠡᠷᠬᠢᠯᠡᠭᠰᠡᠨ ᠤᠯᠤᠰ ᠤᠨ ᠲᠤᠮᠤ ᠲᠦᠰᠦᠯ ᠤᠯᠤᠰ ᠤᠨ ᠳᠤᠲᠤᠭᠠᠳᠤ ᠭᠠᠳᠠᠭᠠᠳᠤ ᠶᠢᠨ︿ᠮᠤᠩᠭᠤᠯ ᠤᠨ ᠨᠢᠭᠤᠴᠠ ᠲᠤᠪᠴᠢᠶᠠᠨ﹀ ᠤ ᠬᠡᠪᠯᠡᠯ ᠦᠨ ᠴᠤᠭᠯᠠᠭᠤᠯᠭ᠎ᠠ ᠪᠠ ᠤᠭ ᠡᠬᠡ ᠶᠢᠨ ᠬᠠᠮ ᠰᠤᠳᠤᠯᠭ᠎ᠠ︾ ᠶᠢ ᠠᠬᠢᠭᠤᠯᠬᠤ ᠵᠢᠴᠢ ︽ᠮᠤᠩᠭᠤᠯ ᠤᠨ ᠨᠢᠭᠤᠴᠠ ᠲᠤᠪᠴᠢᠶᠠᠨ︾ ᠵᠤᠬᠢᠶᠠᠭᠳᠠᠭᠰᠠᠨ 780 ᠵᠢᠯ ᠦᠨ ᠤᠢ ᠶᠢ ᠳᠤᠷᠠᠰᠬᠠᠨ ᠲᠡᠮᠲᠡᠭᠯᠡᠬᠦ ᠪᠦᠬᠦ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠬᠦᠬᠡᠬᠤᠲᠠ ᠳᠦ ᠠᠮᠵᠢᠯᠲᠠᠲᠠᠢ ᠶᠠᠪᠤᠭᠳᠠᠵᠠᠢ᠃ ᠲᠤᠰ ᠤᠳᠠᠭᠠᠨ ᠤ ᠬᠤᠷᠠᠯ ᠨᠢ ᠮᠠᠨ ᠤ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠪᠠ ᠥᠪᠥᠷ ᠮᠤᠩᠭᠤᠯ ᠤᠨ ᠶᠡᠬᠡ ᠰᠤᠷᠭᠠᠭᠤᠯᠢ ᠶᠢᠨ ︽ᠮᠤᠩᠭᠤᠯ ᠤᠨ ᠨᠢᠭᠤᠴᠠ ᠲᠤᠪᠴᠢᠶᠠᠨ︾ ᠰᠤᠳᠤᠯᠤᠯ ᠤᠨ ᠲᠦᠪ ᠬᠠᠮᠲᠤᠪᠠᠷ ᠵᠤᠬᠢᠶᠠᠨ ᠪᠠᠢᠭᠤᠯᠵᠤ᠂ ᠮᠠᠨ ᠤ ᠰᠤᠷᠭᠠᠭᠤᠯᠢ ᠶᠢᠨ ᠨᠡᠢᠭᠡᠮ ᠤᠨ ᠰᠢᠨᠵᠢᠯᠡᠬᠦ ᠤᠬᠠᠭᠠᠨ ᠤ ᠭᠠᠵᠠᠷ ᠤᠨ ᠳᠠᠷᠤᠭ᠎ᠠ ᠳᠠᠪᠬᠤᠷᠪᠠᠶᠠᠷ ᠠᠴᠠ ᠬᠦᠲᠦᠯᠪᠡ᠃

︽ᠮᠤᠩᠭᠤᠯ ᠤᠨ ᠨᠢᠭᠤᠴᠠ ᠲᠤᠪᠴᠢᠶᠠᠨ︾ ᠪᠤᠯ ᠡᠳᠦᠭᠡ ᠬᠦᠷᠲᠡᠯ᠎ᠡ ᠤᠯᠠᠮᠵᠢᠯᠠᠭᠳᠠᠵᠤ ᠢᠷᠡᠭᠰᠡᠨ ᠮᠤᠩᠭᠤᠯ ᠰᠤᠷᠪᠤᠯᠵᠢ ᠪᠢᠴᠢᠭ ᠤᠳ ᠦᠨ ᠭᠡᠷᠡᠯᠲᠦ ᠰᠤᠪᠤᠳ ᠪᠤᠯᠤᠨ᠎ᠠ᠃ ᠲᠤᠰ ᠨᠤᠮ ᠨᠢ ᠤᠨ ᠲᠤᠭᠠᠯᠠᠯ ᠤᠨ 1240 ᠤᠨ ᠤ 7 ᠰᠠᠷ᠎ᠠ ᠳᠤ ᠨᠡᠢᠲᠡᠯᠡᠭᠳᠡᠵᠦ᠂ 2020 ᠤᠨ ᠬᠦᠷᠲᠡᠯ᠎ᠡ 780 ᠵᠢᠯ ᠦᠨ ᠨᠢᠭᠤᠷ ᠢ ᠦᠵᠡᠵᠦ ᠪᠠᠢᠨ᠎ᠠ᠃︽ᠮᠤᠩᠭᠤᠯ ᠤᠨ ᠨᠢᠭᠤᠴᠠ ᠲᠤᠪᠴᠢᠶᠠᠨ︾ ᠤ ᠬᠢᠲᠠᠳ ᠬᠡᠯᠡᠨ ᠳᠦ ᠤᠷᠴᠢᠭᠤᠯᠤᠭᠳᠠᠭᠰᠠᠨ ᠬᠡᠪᠯᠡᠯ ᠢ ᠠᠩᠬ᠎ᠠ ᠢᠯᠡᠷᠡᠭᠦᠯᠦᠭᠰᠡᠨ ᠡᠴᠡ ᠨᠠᠭᠠᠰᠢ᠂

ᠤᠯᠤᠰ ᠤᠨ ᠳᠤᠲᠤᠭᠠᠳᠤ ᠭᠠᠳᠠᠭᠠᠳᠤ ᠶᠢᠨ ᠮᠤᠩᠭᠤᠯ ᠰᠤᠳᠤᠯᠤᠯ ᠤᠨ ᠡᠷᠳᠡᠮᠲᠡᠨ ᠰᠤᠳᠤᠯᠭᠠᠲᠠᠳ ᠤᠨ ᠡᠷᠳᠡᠨᠢ ᠪᠤᠯᠵᠤ᠂ ᠦᠭᠡ ᠬᠡᠯᠡ ᠦᠰᠦᠭ ᠪᠢᠴᠢᠭ᠂ ᠲᠡᠥᠬᠡ ᠰᠤᠶᠤᠯ᠂ ᠬᠠᠥᠯᠢ ᠲᠤᠭᠲᠠᠭᠠᠬᠤ ᠵᠠᠷᠯᠢᠭ᠂ ᠤᠷᠠᠨ ᠵᠤᠬᠢᠶᠠᠯ ᠤᠷᠠᠯᠢᠭ᠂ ᠠᠷᠠᠳ ᠤᠨ ᠵᠠᠩ ᠦᠢᠯᠡ ᠵᠡᠷᠭᠡ ᠤᠯᠠᠨ ᠲᠠᠯ᠎ᠠ ᠠᠴᠠ ᠨᠠᠷᠢᠨ ᠰᠤᠳᠤᠯᠤᠨ᠂ ᠤᠯᠠᠨ ᠰᠤᠳᠤᠯᠭᠠᠨ ᠤ ᠪᠦᠲᠦᠭᠡᠯ ᠢ ᠬᠡᠪᠯᠡᠨ ᠨᠡᠢᠲᠡᠯᠡᠯ᠎ᠡ᠃ ᠮᠠᠨ ᠤ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂︽ᠮᠤᠩᠭᠤᠯ ᠤᠨ ᠨᠢᠭᠤᠴᠠ ᠲᠤᠪᠴᠢᠶᠠᠨ︾ ᠤ ᠰᠤᠳᠤᠯᠤᠯ ᠤᠨ ᠲᠦᠪ ᠦᠨ ᠡᠷᠬᠢᠯᠡᠭᠴᠢ ᠪᠦᠷᠢᠨᠪᠠᠲᠤ ᠫᠷᠣᠹᠧᠰᠰᠣᠷ ᠤᠨ ᠡᠷᠬᠢᠯᠡᠭᠰᠡᠨ ᠤᠯᠤᠰ ᠤᠨ ᠲᠤᠮᠤ ᠲᠦᠰᠦᠯ︽ᠤᠯᠤᠰ ᠤᠨ ᠳᠤᠲᠤᠭᠠᠳᠤ ᠭᠠᠳᠠᠭᠠᠳᠤ ᠶᠢᠨ︿ᠮᠤᠩᠭᠤᠯ ᠤᠨ ᠨᠢᠭᠤᠴᠠ ᠲᠤᠪᠴᠢᠶᠠᠨ﹀ ᠤ ᠬᠡᠪᠯᠡᠯ ᠦᠨ ᠴᠤᠭᠯᠠᠭᠤᠯᠭ᠎ᠠ ᠪᠠ ᠤᠭ ᠡᠬᠡ ᠶᠢᠨ ᠬᠠᠮ ᠰᠤᠳᠤᠯᠭ᠎ᠠ︾ ᠪᠤᠯ ᠤᠷᠴᠢᠮ ᠤᠨ ᠵᠢᠯ ᠦᠳ ᠤᠨ︽ᠮᠤᠩᠭᠤᠯ ᠤᠨ ᠨᠢᠭᠤᠴᠠ ᠲᠤᠪᠴᠢᠶᠠᠨ︾ ᠤ ᠰᠤᠳᠤᠯᠭᠠᠨ ᠤ ᠬᠦᠷᠢᠶ᠎ᠡ ᠬᠡᠪᠴᠢᠶᠡᠨ ᠳ᠋ᠡᠬᠢ ᠬᠠᠮᠤᠭ ᠤᠨ ᠰᠤᠨᠢᠷᠬᠠᠯᠲᠠᠢ ᠰᠤᠳᠤᠯᠭᠠᠨ ᠤ ᠲᠦᠰᠦᠯ ᠦᠨ ᠨᠢᠭᠡ ᠪᠤᠯᠪᠠ᠃ ᠰᠤᠳᠤᠯᠭᠠᠨ ᠤ ᠲᠦᠰᠦᠯ ᠦᠨ ᠠᠬᠢᠴᠠ ᠶᠢ ᠠᠬᠢᠭᠤᠯᠵᠤ᠂︽ᠮᠤᠩᠭᠤᠯ ᠤᠨ ᠨᠢᠭᠤᠴᠠ ᠲᠤᠪᠴᠢᠶᠠᠨ︾ ᠤ ᠰᠤᠳᠤᠯᠭᠠᠨ ᠤ ᠪᠠᠢᠳᠠᠯ ᠢ ᠡᠷᠭᠢᠴᠡᠭᠦᠯᠦᠨ᠂ ᠢᠷᠡᠭᠡᠳᠦᠢ ᠶᠢᠨ ᠰᠤᠳᠤᠯᠭᠠᠨ ᠢ ᠪᠠᠷᠠᠯᠠᠬᠤ ᠶᠢᠨ ᠲᠦᠯᠦᠭᠡ᠂  ᠮᠦᠨᠴᠦ︽ᠮᠤᠩᠭᠤᠯ ᠤᠨ ᠨᠢᠭᠤᠴᠠ ᠲᠤᠪᠴᠢᠶᠠᠨ︾ ᠵᠤᠬᠢᠶᠠᠭᠳᠠᠭᠰᠠᠨ 780 ᠵᠢᠯ ᠦᠨ ᠤᠢ ᠶᠢ ᠳᠤᠷᠠᠰᠬᠠᠨ ᠲᠡᠮᠳᠡᠭᠯᠡᠬᠦ ᠶᠢᠨ ᠲᠦᠯᠦᠭᠡ᠂ ᠲᠤᠰ ᠤᠳᠠᠭᠠᠨ ᠤ ᠡᠷᠳᠡᠮ ᠰᠢᠨᠵᠢᠯᠡᠭᠡᠨ ᠦ ᠬᠤᠷᠠᠯ ᠢ ᠡᠷᠬᠢᠯᠡᠪᠡ᠃

ᠬᠤᠷᠠᠯ ᠤᠨ ᠡᠬᠢᠨ ᠳᠦ᠂ ᠮᠠᠨ ᠤ ᠰᠤᠷᠭᠠᠭᠤᠯᠢ ᠶᠢᠨ ᠳᠡᠳ᠋ ᠵᠠᠬᠢᠷᠤᠯ ᠡᠷᠬᠢᠮᠪᠠᠶᠠᠷ᠂ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠪᠠᠢᠩᠭᠤ ᠶᠢᠨ ᠳᠡᠳ᠋ ᠵᠠᠬᠢᠷᠤᠯ ᠤᠶᠤᠨᠴᠢ ᠡᠴᠡ ᠶᠠᠷᠢᠶ᠎ᠠ ᠲᠠᠯᠪᠢᠵᠤ᠂ ᠮᠠᠨ ᠤ ᠰᠤᠷᠭᠠᠭᠤᠯᠢ ᠶᠢᠨ︽ᠮᠤᠩᠭᠤᠯ ᠤᠨ ᠨᠢᠭᠤᠴᠠ ᠲᠤᠪᠴᠢᠶᠠᠨ︾ ᠤ ᠰᠤᠳᠤᠯᠤᠯ ᠤᠨ ᠲᠦᠪ ᠦᠨ ᠡᠷᠬᠢᠯᠡᠭᠴᠢ ᠪᠦᠷᠢᠨᠪᠠᠲᠤ ᠫᠷᠣᠹᠧᠰᠰᠣᠷ ᠠᠴᠠ ︽ᠮᠤᠩᠭᠤᠯ ᠤᠨ ᠨᠢᠭᠤᠴᠠ ᠲᠤᠪᠴᠢᠶᠠᠨ︾ ᠤ ᠬᠠᠮᠢᠶ᠎ᠠ ᠪᠦᠬᠦᠢ ᠬᠦᠨᠳᠦ ᠴᠢᠬᠤᠯᠠ ᠬᠦᠳᠡᠯᠭᠡᠭᠡᠨ ᠦ ᠪᠠᠢᠳᠠᠯ ᠢ ᠲᠠᠨᠢᠯᠴᠠᠭᠤᠯᠤᠨ᠂ ᠬᠦᠷᠡᠯᠪᠠᠭᠠᠲᠤᠷ᠂ ᠲᠡᠷᠭᠡᠯ᠂ ᠳ᠋·ᠪᠤᠯᠠᠭ ᠠᠴᠠ ᠲᠦᠰᠦᠯ ᠦᠨ ᠠᠬᠢᠴᠠ ᠶᠢᠨ ᠪᠠᠢᠳᠠᠯ ᠢ ᠮᠡᠳᠡᠭᠦᠯᠪᠡ᠃

ᠬᠤᠷᠠᠯ ᠳᠡᠭᠡᠷ᠎ᠡ᠂ ᠪᠦᠷᠢᠨᠪᠠᠲᠤ᠂ ᠪᠠᠶᠠᠨᠮᠡᠨᠳᠦ᠂ ᠮᠢᠩᠭᠠᠨᠲᠤ ᠡᠷᠳᠡᠮᠲᠦ᠂ ᠲᠠᠶᠠ᠂ ᠰᠢᠳᠤᠷᠭᠤ᠂ ᠮᠸᠩ ᠰᠦᠩ ᠯᠢᠨ᠂ ᠴᠤᠭ᠂ ᠬᠠᠢᠷᠬᠠᠨ ᠵᠡᠷᠭᠡ ᠡᠷᠳᠡᠮᠳᠡᠳ ᠭᠤᠤᠯ ᠵᠤᠷᠢᠯᠲᠠ ᠪᠠᠨ ᠢᠯᠡᠳᠭᠡᠪᠡ᠃ ᠳᠤᠮᠳᠠᠳᠤ ᠤᠯᠤᠰ ᠤᠨ ᠨᠡᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠤᠯᠤᠰ ᠤᠨ ᠨᠤᠮ ᠤᠨ ᠰᠠᠩ᠂ ᠪᠡᠭᠡᠵᠢᠩ ᠶᠡᠬᠡ ᠰᠤᠷᠭᠠᠭᠤᠯᠢ᠂ ᠲᠦᠪ ᠦᠨ ᠦᠨᠳᠦᠰᠦᠲᠡᠨ ᠦ ᠶᠡᠭᠡ ᠰᠤᠷᠭᠠᠭᠤᠯᠢ᠂ ᠥᠪᠥᠷ ᠮᠤᠩᠭᠤᠯ ᠤᠨ ᠶᠡᠬᠡ ᠰᠤᠷᠭᠠᠭᠤᠯᠢ᠂ ᠥᠪᠥᠷ ᠮᠤᠩᠭᠤᠯ ᠤᠨ ᠪᠠᠭᠰᠢ ᠶᠢᠨ ᠶᠡᠬᠡ ᠰᠤᠷᠭᠠᠭᠤᠯᠢ᠂ ᠥᠪᠥᠷ ᠮᠤᠩᠭᠤᠯ ᠤᠨ ᠨᠡᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠤᠩᠭᠤᠯ ᠤᠨ ᠲᠠᠷᠢᠶᠠᠯᠠᠩ ᠤᠨ ᠶᠡᠬᠡ ᠰᠤᠷᠭᠠᠭᠤᠯᠢ᠂ ᠥᠪᠥᠷ ᠮᠤᠩᠭᠤᠯ ᠤᠨ ᠦᠨᠳᠦᠰᠦᠲᠡᠨ ᠦ ᠶᠡᠬᠡ ᠰᠤᠷᠭᠠᠭᠤᠯᠢ᠂ ᠪᠠᠷᠠᠭᠤᠨ ᠬᠤᠢᠳᠤ ᠶᠢᠨ ᠦᠨᠳᠦᠰᠦᠲᠡᠨ ᠦ ᠶᠡᠬᠡ ᠰᠤᠷᠭᠠᠭᠤᠯᠢ᠂ ᠬᠦᠬᠡᠬᠤᠲᠠ ᠶᠢᠨ ᠦᠨᠳᠦᠰᠦᠲᠡᠨ ᠦ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠳᠡᠭᠡᠳᠦ ᠰᠤᠷᠭᠠᠭᠤᠯᠢ᠂ ᠬᠦᠯᠦᠨ ᠪᠤᠢᠷ ᠤᠨ ᠳᠡᠭᠡᠳᠦ ᠰᠤᠷᠭᠠᠭᠤᠯᠢ᠂ ᠤᠷᠳᠤᠰ ᠬᠤᠲᠠ ᠶᠢᠨ ᠷᠠᠳᠢᠣ᠋ ᠲᠸᠯᠸᠢᠰ ᠦᠨ ᠤᠷᠴᠢᠭᠤᠯᠤᠨ ᠦᠢᠯᠡᠳᠬᠦ ᠲᠦᠪ᠂ ᠴᠢᠩᠭᠢᠰ ᠬᠠᠭᠠᠨ ᠤ ᠰᠤᠳᠤᠯᠭᠠᠨ ᠤ ᠬᠦᠷᠢᠶᠡᠯᠡᠩ᠂ ᠤᠲᠤᠭ ᠬᠤᠰᠢᠭᠤᠨ ᠤ︽ ᠮᠤᠩᠭᠤᠯ ᠤᠨ ᠨᠢᠭᠤᠴᠠ ᠲᠤᠪᠴᠢᠶᠠᠨ︾ ᠤ ᠮᠦᠽᠧᠢ᠂ ᠤᠲᠤᠭ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠵᠡᠷᠭᠡ ᠨᠢᠭᠡᠴᠡ ᠶᠢᠨ40 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠳ ᠦᠭᠦᠯᠡᠯ ᠢᠶᠡᠨ ᠤᠩᠰᠢᠵᠤ᠂ ᠡᠷᠳᠡᠮ ᠰᠢᠨᠵᠢᠯᠡᠭᠡᠨ ᠦ ᠦᠵᠡᠯ ᠰᠠᠨᠠᠭ᠎ᠠ ᠪᠠᠨ ᠭᠦᠨᠵᠡᠭᠡᠢ ᠰᠤᠯᠢᠯᠴᠠᠪᠠ᠃ ᠨᠠᠰᠤᠨ᠋ᠤ᠋ᠷᠲᠤ ᠫᠷᠣᠹᠧᠰᠰᠣᠷ ᠬᠤᠷᠠᠯ ᠲᠡᠭᠦᠰᠬᠦ ᠶᠠᠷᠢᠶ᠎ᠠ ᠲᠠᠯᠪᠢᠵᠤ᠂ ᠬᠤᠷᠠᠯ ᠤᠨ ᠲᠤᠰᠬᠠᠢ ᠡᠷᠳᠡᠮᠲᠡᠨ ᠰᠤᠳᠤᠯᠭᠠᠳᠠᠳ ᠯᠤᠭ᠎ᠠ︽ᠮᠤᠩᠭᠤᠯ ᠤᠨ ᠨᠢᠭᠤᠴᠠ ᠲᠤᠪᠴᠢᠶᠠᠨ︾ ᠤ ᠰᠤᠷᠪᠤᠯᠵᠢ ᠪᠢᠴᠢᠭ ᠦᠨ ᠰᠠᠩ ᠤᠨ︽ᠮᠤᠩᠭᠤᠯ ᠤᠨ ᠨᠢᠭᠤᠴᠠ ᠲᠤᠪᠴᠢᠶᠠᠨ︾ ᠦ ᠬᠠᠳᠠᠭᠠᠯᠠᠨᠵᠢ ᠶᠢᠨ ᠦᠵᠡᠭᠦᠯᠦᠯᠭᠡ ᠶᠢ ᠲᠤᠭᠤᠷᠢᠨ ᠦᠵᠡᠵᠦ ᠰᠤᠷᠤᠯᠴᠠᠪᠠ᠃

ᠰᠢ ᠵᠢᠨ ᠫᠢᠩ ᠶᠡᠷᠦᠩᠬᠡᠢ ᠱᠦᠵᠢ ᠮᠠᠨ ᠤ ᠰᠤᠷᠭᠠᠭᠤᠯᠢ ᠶᠢ ᠪᠠᠢᠴᠠᠭᠠᠬᠤ ᠦᠶ᠎ᠡ ᠳᠦ︽ᠮᠤᠩᠭᠤᠯ ᠬᠡᠯᠡᠨ ᠦ ᠡᠷᠲᠡᠨ ᠦ ᠰᠤᠷᠪᠤᠯᠵᠢ ᠪᠢᠴᠢᠭ ᠦᠳ ᠢ ᠬᠠᠢᠬᠤ᠂ ᠡᠮᠬᠢᠳᠭᠡᠬᠦ᠂ ᠬᠠᠮᠠᠭᠠᠯᠠᠬᠤ᠂ ᠡᠭᠦᠨ ᠳᠦ ᠬᠠᠳᠠᠭᠠᠯᠠᠭᠳᠠᠵᠤ ᠪᠠᠢᠭ᠎ᠠ ᠦᠨᠳᠦᠰᠦᠲᠡᠨ ᠦ ᠪᠦᠯᠬᠦᠮᠳᠡᠯ ᠦᠨ ᠳᠠᠪᠰᠢᠩᠭᠤᠢ ᠵᠤᠷᠢᠭ ᠰᠠᠨᠠᠭᠠᠨ ᠦ ᠠᠭᠤᠯᠬᠤᠨ ᠢ ᠤᠬᠠᠨ ᠪᠠᠳᠠᠷᠠᠭᠤᠯᠬᠤ᠂ ᠡᠯ᠎ᠡ ᠦᠨᠳᠦᠰᠦᠲᠡᠨ ᠦ ᠠᠷᠠᠳ ᠲᠦᠮᠡᠨ ᠦ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤ ᠶᠢᠨ ᠪᠠᠳᠠᠷᠠᠨ ᠬᠦᠭᠵᠢᠬᠦ ᠶᠢ ᠵᠤᠷᠢᠭᠵᠢᠭᠤᠯᠬᠤ ᠶᠢ ᠴᠢᠩᠭᠠᠳᠬᠠᠬᠤ ᠬᠡᠷᠡᠭᠲᠡᠢ︾ᠭᠡᠵᠦ ᠵᠢᠭᠠᠨ ᠭᠠᠷᠭᠠᠪᠠ᠃︽ᠮᠤᠩᠭᠤᠯ ᠤᠨ ᠨᠢᠭᠤᠴᠠ ᠲᠤᠪᠴᠢᠶᠠᠨ︾ ᠪᠤᠯ ᠠᠯᠳᠠᠷᠲᠤ ᠲᠡᠥᠬᠡ ᠤᠷᠠᠨ ᠵᠤᠬᠢᠶᠠᠯ ᠤᠨ ᠤᠷᠲᠤ ᠡᠪᠬᠡᠮᠡᠯ ᠪᠤᠯᠬᠤ ᠪᠦᠭᠡᠳ ᠤᠯᠠᠨ ᠤᠯᠤᠰ ᠤᠨ ᠬᠤᠯᠪᠤᠭᠠᠳᠤ ᠪᠠᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠢᠭᠤᠯᠤᠯᠲᠠ ᠶᠢᠨ ᠵᠦᠪᠰᠢᠶᠡᠷᠡᠨ ᠮᠡᠳᠡᠷᠡᠭᠰᠡᠨ ᠳᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠦᠨ ᠨᠢᠭᠡ ᠪᠤᠯᠬᠤ ᠮᠦᠷᠲᠡᠬᠡᠨ ᠡᠯ᠎ᠡ ᠦᠨᠳᠦᠰᠦᠲᠡᠨ ᠦ ᠠᠷᠠᠳ ᠲᠦᠮᠡᠨ ᠦ ᠰᠤᠯᠢᠯᠴᠠᠭ᠎ᠠ ᠠᠭᠤᠰᠤᠯᠴᠠᠯ ᠢ  ᠲᠠᠢᠯᠪᠤᠷᠢᠯᠠᠭᠰᠠᠨ ᠲᠡᠥᠬᠡ ᠶᠢᠨ ᠠᠪᠤᠷᠭᠤ ᠪᠦᠲᠦᠭᠡᠯ ᠪᠤᠯᠤᠨ᠎ᠠ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠬᠦᠮᠦᠵᠢᠯ ᠢ ᠭᠦᠨᠵᠡᠭᠡᠢᠷᠡᠭᠦᠯᠦᠨ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠡᠬᠢᠵᠢᠭᠦᠯᠬᠦ ᠳᠦ ᠠᠮᠢᠳᠤ ᠳᠦᠷᠰᠦᠯᠢᠭ ᠲᠡᠥᠬᠡ ᠶᠢᠨ ᠪᠤᠷᠤ ᠮᠠᠲ᠋ᠧᠷᠢᠶᠠᠯ ᠪᠤᠯᠤᠨ ᠡᠷᠲᠡᠨ ᠦ ᠰᠤᠷᠪᠤᠯᠵᠢ ᠪᠢᠴᠢᠭ ᠢ ᠬᠠᠩᠭᠠᠭᠰᠠᠨ ᠪᠠᠢᠨ᠎ᠠ᠃ ᠪᠢᠳᠡ ᠶᠡᠷᠦᠩᠬᠡᠢ ᠱᠦᠵᠢ ᠶᠢᠨ ᠨᠠᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠦ ᠰᠢᠯᠢᠳᠡᠭ ᠤᠯᠠᠮᠵᠢᠯᠠᠯᠲᠤ ᠰᠤᠶᠤᠯ ᠢ ᠤᠯᠠᠮᠵᠢᠯᠠᠨ ᠪᠠᠳᠠᠷᠠᠭᠤᠯᠵᠤ᠂ ᠡᠯ᠎ᠡ ᠦᠨᠳᠦᠰᠦᠲᠡᠨ ᠦ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠬᠦᠭᠵᠢᠨ ᠴᠡᠴᠡᠭᠯᠡᠬᠦ ᠦᠵᠡᠯ ᠰᠠᠨᠠᠭᠠᠨ ᠤ ᠰᠠᠭᠤᠷᠢ ᠶᠢ ᠪᠠᠲᠤ ᠪᠡᠬᠢ ᠲᠠᠯᠪᠢᠵᠤ᠂᠎ ᠦᠨᠳᠦᠰᠦᠲᠡᠨ ᠨᠦᠭᠥᠳ ᠦᠨ ᠠᠷᠠᠳ ᠲᠦᠮᠡᠨ ᠦ ᠬᠠᠮᠲᠤ ᠶᠢᠨ ᠤᠶᠤᠨ ᠰᠠᠨᠠᠭᠠᠨ ᠤ ᠭᠡᠷ ᠤᠷᠤᠨ ᠢᠶᠠᠨ ᠰᠠᠢᠲᠤᠷ ᠬᠠᠮᠠᠭᠠᠯᠠᠨ᠎ᠠ᠃