ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠠᠴᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭᠰᠠᠨ ᠠᠭᠤᠰᠬᠢᠨ ᠥᠷᠪᠢᠰᠥᠯ ᠦᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ

ᠰᠤᠷᠭᠠᠭᠤᠯᠢ ᠶᠢᠨ ᠬᠥᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭᠰᠠᠨ ᠠᠭᠤᠰᠬᠢᠨ ᠥᠷᠪᠢᠰᠥᠯ ᠦᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠡᠩ ᠨᠠᠷᠢᠨ ᠬᠢᠨᠠᠮᠠᠭᠠᠢ ᠡᠷᠴᠢᠮ ᠲᠠᠢ ᠶᠠᠪᠤᠭᠳᠠᠭᠤᠯᠤᠬᠤ ᠶᠢᠨ ᠡᠭᠦᠳᠡᠨ ᠡᠴᠡ᠂ 4 ᠰᠠᠷ᠎ᠠ ᠶᠢᠨ 8 ᠤ ᠦᠳᠡ ᠶᠢᠨ ᠡᠮᠦᠨ᠎ᠡ᠂ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠡᠴᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭᠰᠠᠨ ᠠᠭᠤᠰᠬᠢᠨ ᠥᠷᠪᠢᠰᠥᠯ ᠦᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠬᠤᠷᠠᠯ ᠢ ᠶᠠᠪᠤᠭᠳᠠᠭᠤᠯᠤᠭᠰᠠᠨ ᠪᠠᠶᠢᠨ᠎ᠠ᠃ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠢᠨ ᠬᠤ ᠬᠤᠷᠠᠯ ᠡᠷᠬᠢᠯᠡᠵᠦ᠂ ᠳᠡᠭᠡᠳᠦ ᠰᠤᠷᠭᠠᠭᠤᠯᠢ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭᠰᠠᠨ ᠠᠭᠤᠰᠬᠢᠨ ᠥᠷᠪᠢᠰᠥᠯ ᠦᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠪᠠᠭ ᠤᠨ ᠭᠡᠰᠢᠭᠦᠨ ᠨᠦᠭᠥᠳ ᠬᠤᠷᠠᠯ ᠳᠤ ᠤᠷᠤᠯᠴᠠᠭᠰᠠᠨ ᠪᠠᠶᠢᠨ᠎ᠠ᠃



ᠬᠤᠷᠠᠯ ᠠᠴᠠ ᠬᠠᠪᠤᠷ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠥᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭᠰᠠᠨ ᠠᠭᠤᠰᠬᠢᠨ ᠥᠷᠪᠢᠰᠥᠯ  ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠯ ᠤᠨ ᠬᠤᠷᠠᠯ ᠤᠨ ᠵᠤᠷᠢᠭ ᠰᠠᠨᠠᠭ᠎ᠠ ᠶᠢ ᠳᠠᠮᠵᠢᠭᠤᠯᠤᠨ᠂ ︽ ᠥᠪᠥᠷ ᠮᠤᠩᠭᠤᠯ ᠤᠨ ᠶᠡᠬᠡ ᠰᠤᠷᠭᠠᠭᠤᠯᠢ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭᠰᠠᠨ ᠠᠭᠤᠰᠬᠢᠨ ᠥᠷᠪᠢᠰᠥᠯ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠳᠥᠰᠥᠯ︾ ᠢ ᠰᠤᠷᠤᠯᠴᠠᠵᠦ᠂ ᠳᠡᠭᠡᠳᠦ ᠰᠤᠷᠭᠠᠭᠤᠯᠢ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ︽ ᠮᠤᠩᠭᠤᠯ ᠰᠤᠳᠤᠯᠤᠯ ᠤᠨ ᠠᠰᠠᠷ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠳᠥᠰᠥᠯ︾ ᠢ ᠲᠤᠭᠲᠠᠭᠠᠵᠤ᠂ ᠪᠠᠰᠠ ᠳᠡᠭᠡᠳᠦ ᠰᠤᠷᠭᠠᠭᠤᠯᠢ ᠶᠢᠨ ᠤᠶᠢᠷ᠎ᠠ ᠤᠷᠴᠢᠮ ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠤᠲᠠᠲᠠᠢ ᠳᠤᠬᠢᠷᠠᠭᠤᠯᠤᠯᠲᠠ ᠬᠢᠭᠰᠡᠨ ᠶᠤᠮ᠃ ᠵᠢᠨ ᠬᠤ ᠱᠦᠵᠢ ᠰᠤᠷᠭᠠᠭᠤᠯᠢ ᠶᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠵᠦ᠂ ᠰᠤᠷᠤᠭᠴᠢᠳ ᠤᠨ ᠠᠮᠤᠷ ᠳᠥᠪᠰᠢᠨ ᠰᠤᠷᠭᠠᠭᠤᠯᠢ ᠳᠤ ᠪᠠᠨ ᠪᠤᠴᠠᠬᠤ ᠳᠤ ᠪᠥᠷᠢᠨ ᠲᠡᠭᠦᠯᠳᠡᠷ ᠪᠡᠯᠡᠳᠭᠡᠯ ᠲᠠᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃