ᠮᠠᠨ ᠤ ᠮᠤᠩᠭᠤᠯ ᠰᠣᠳᠣᠯᠣᠯ ᠨᠢ ᠥᠪᠥᠷ ᠮᠣᠩᠭᠣᠯ ᠤᠨ ᠰᠠᠢ ᠺᠧ ᠰᠢᠩ ᠪᠦᠯᠦᠭᠯᠡᠯ ᠢ ᠤᠷᠢᠵᠤ ᠠᠵᠢᠯ ᠤᠨ ᠪᠠᠶᠢᠷᠢ ᠪᠠᠨ ᠥᠷᠭᠡᠳᠬᠡᠨ ᠠᠵᠢᠯ ᠣᠯᠭᠣᠯᠲᠠ ᠶᠢ ᠠᠬᠢᠭᠤᠯᠬᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ

ᠲᠡᠭᠦᠰᠬᠦ ᠰᠤᠷᠤᠭᠴᠢᠳ ᠤᠨ ᠠᠵᠢᠯ ᠣᠯᠭᠣᠯᠲᠠ ᠶᠢ ᠠᠬᠢᠭᠤᠯᠵᠤ᠂ ᠠᠵᠢᠯ ᠤᠨ ᠪᠠᠢᠢᠷᠢ ᠶᠢ ᠨᠡᠭᠡᠭᠡᠨ ᠥᠷᠭᠡᠳᠭᠡᠵᠤ᠂ ᠰᠤᠷᠭᠠᠭᠤᠯᠢ ᠪᠠ ᠠᠵᠤ ᠠᠬᠤᠢᠯᠠᠯ ᠤᠨ ᠬᠠᠮᠲᠤᠷᠠᠯᠴᠠᠭ᠎ᠠ ᠶᠢ ᠪᠥᠬᠥ ᠲᠠᠯ᠎ᠠ ᠪᠠᠷ ᠬᠦᠨᠵᠡᠭᠡᠢᠷᠡᠭᠦᠯᠦᠨ᠂ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠵᠠᠭᠪᠤᠷ ᠢ ᠰᠥᠪᠡᠭᠴᠢᠺᠡᠬᠦ ᠶᠢᠨ ᠲᠥᠯᠥᠭᠡ᠂ ᠮᠣᠩᠭᠣᠯ ᠰᠣᠳᠣᠯᠣᠯ ᠤᠨ ᠳᠡᠭᠡᠳᠦ ᠰᠤᠷᠭᠠᠭᠤᠯᠢ 《 ᠠᠵᠤ ᠠᠬᠤᠢᠯᠠᠯ ᠢ ᠰᠣᠷᠪᠣᠯᠵᠢᠯᠠᠵᠤ ᠠᠵᠢᠯ ᠤᠨ ᠪᠠᠢᠢᠷᠢ ᠶᠢ ᠥᠷᠭᠡᠳᠬᠡᠨ ᠠᠵᠢᠯ ᠣᠯᠭᠣᠯᠲᠠ ᠶᠢ ᠠᠬᠢᠭᠤᠯᠬᠤ 》 ᠲᠤᠰᠬᠠᠢ ᠠᠵᠢᠯᠯᠠᠭ᠎ᠠ ᠶᠢ ᠢᠳᠡᠪᠬᠢᠲᠠᠢ ᠥᠷᠨᠢᠭᠦᠯᠵᠦ᠂ 2022 ᠣᠨ ᠤ 4 ᠰᠠᠷ᠎ᠠ ᠶᠢᠨ 11 ᠦ ᠡᠳᠦᠷ ᠦᠨ ᠦᠳᠡ ᠶᠢᠨ ᠬᠣᠢᠨ᠎ᠠ᠂ ᠰᠠᠢ ᠺᠧ ᠰᠢᠩ ᠪᠦᠯᠦᠭᠯᠡᠯ ᠢ ᠤᠷᠢᠵᠤ ᠳᠡᠭᠡᠳᠦ ᠰᠤᠷᠭᠠᠭᠤᠯᠢ ᠳᠤ ᠪᠠᠢᠢᠴᠠᠭᠠᠨ ᠰᠣᠳᠣᠯᠣᠯᠲᠠ ᠬᠢᠭᠰᠡᠨ ᠪᠠᠢᠢᠨ᠎ᠠ᠃ ᠲᠤᠰ ᠠᠵᠢᠯᠯᠠᠭᠠᠨ ᠳᠤ ᠮᠣᠩᠭᠣᠯ ᠰᠣᠳᠣᠯᠣᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠣᠷᠢᠶᠠᠨ ᠤ ᠱᠦᠵᠢ ᠵᠢᠨ ᠬᠤ᠂ ᠪᠠᠢᠢᠩᠭᠤ ᠶᠢᠨ ᠳᠡᠳ᠋ ᠵᠠᠬᠢᠷᠤᠯ ᠡᠦ ᠶᠢᠩ ᠵᠧ᠂ ᠳᠡᠳ᠋ ᠱᠦᠵᠢ ᠰᠠᠴᠤᠷᠠ᠂ ᠬᠠᠪᠰᠤᠷᠤᠨ ᠵᠢᠯᠤᠭᠤᠳᠤᠭᠴᠢ ᠴᠧᠩ ᠷᠧᠨ ᠵᠢᠴᠢ ᠥᠪᠥᠷ ᠮᠣᠩᠭᠣᠯ ᠤᠨ ᠰᠠᠢ ᠺᠧ ᠰᠢᠩ ᠪᠦᠯᠦᠭᠯᠡᠯ ᠦᠨ ᠲᠥᠯᠥᠭᠡᠯᠡᠭᠴᠢ ᠣᠷᠣᠯᠴᠠᠵᠠᠢ᠃


EB58